ᠬᠡᠦᠬᠡᠳ ᠬᠠᠮᠠᠭᠠᠯᠠᠯ ᠤᠨ ᠥᠷᠦᠭᠡ ᠲᠡᠢ ᠪᠣᠯᠤᠯ᠎ᠠ

ᠳᠡᠭᠦᠷᠭᠡ ᠶᠢᠨ 5 ᠍ ᠳᠦᠭᠡᠷ ᠬᠣᠷᠢᠶ᠎ᠠ ᠬᠡᠦᠬᠡᠳ ᠬᠠᠮᠠᠭᠠᠯᠠᠯ ᠤᠨ ᠥᠷᠥᠭᠡ ᠲᠡᠢ ᠪᠣᠯᠤᠯ᠎ᠠ. ᠲᠤᠰ ᠥᠷᠥᠭᠡᠨ ᠦ ᠭᠣᠣᠯ ᠵᠣᠷᠢᠯᠭ᠎ᠠ ᠨᠢ ᠭᠡᠷ ᠪᠦᠯᠢ ᠶᠢᠨ ᠬᠦᠴᠦᠷᠬᠡᠶᠢᠯᠡᠯ ᠳᠦ ᠥᠷᠲᠦᠭᠰᠡᠨ ᠪᠣᠯᠤᠨ ᠡᠷᠬᠡ ᠨᠢ ᠵᠥᠷᠢᠴᠡᠭᠳᠡᠭᠰᠡᠨ ᠬᠡᠦᠬᠡᠳ ᠦᠨ ᠡᠷᠬᠡ᠂ ᠡᠷᠬᠡ ᠴᠢᠯᠦᠭᠡ᠂ ᠬᠠᠤᠯᠢ ᠶᠣᠰᠣᠨ ᠤ ᠠᠰᠢᠭ ᠰᠣᠨᠢᠷᠬᠠᠯ ᠢ ᠬᠦᠨᠳᠦᠳᠭᠡᠬᠦ᠂ ᠰᠡᠳᠬᠢᠯ ᠰᠠᠨᠠᠭᠠᠨ ᠤ ᠬᠠᠯᠳᠠᠰᠢ ᠦᠭᠡᠢ ᠪᠠᠶᠢᠳᠠᠯ ᠢ ᠬᠠᠮᠠᠭᠠᠯᠠᠬᠤ ᠳᠤ ᠣᠷᠣᠰᠢᠵᠠᠢ᠃
ᠢᠩᠭᠢᠭᠰᠡᠨ ᠢᠶᠡᠷ ᠬᠡᠦᠬᠡᠳ ᠲᠦ ᠰᠡᠳᠬᠢᠯ ᠰᠠᠨᠠᠭᠠᠨ ᠤ ᠲᠣᠭᠲᠠᠪᠤᠷᠢᠲᠠᠢ ᠪᠠᠶᠢᠳᠠᠯ ᠪᠤᠢ ᠪᠣᠯᠵᠤ᠂ ᠠᠩᠬᠠᠷᠤᠯ ᠰᠠᠷᠨᠢᠯ ᠦᠭᠡᠢ ᠬᠦᠰᠡᠯ ᠵᠣᠷᠢᠭ ᠢᠶᠠᠨ ᠪᠤᠰᠤᠳ ᠤᠨ ᠨᠥᠯᠦᠭᠡᠨ ᠳᠦ ᠠᠪᠲᠠᠬᠤ ᠦᠭᠡᠢ ᠪᠡᠷ ᠴᠢᠯᠦᠭᠡᠲᠡᠢ ᠢᠯᠡᠷᠬᠡᠶᠢᠯᠡᠬᠦ᠂ ᠨᠡᠶᠢᠭᠡᠮ ᠤᠨ ᠠᠵᠢᠯᠲᠠᠨ ᠦᠢᠯᠡᠴᠢᠯᠡᠭᠡ ᠦᠵᠡᠭᠦᠯᠬᠦ᠂ ᠵᠥᠪᠯᠡᠭᠡ ᠥᠭᠬᠦ ᠨᠥᠬᠥᠴᠡᠯ ᠪᠥᠷᠢᠳᠴᠦ ᠪᠠᠶᠢᠭ᠎ᠠ ᠪᠠᠷ ᠢᠶᠠᠨ ᠠᠴᠢ ᠬᠣᠯᠪᠣᠭᠳᠠᠯ ᠲᠠᠢ ᠶᠤᠮ᠃
ᠲᠤᠰ ᠥᠷᠥᠭᠡ ᠶᠢ ᠳᠡᠭᠦᠷᠭᠡ ᠶᠢᠨ ᠫᠷᠣᠺᠦ᠋ᠷᠣᠷ ᠤᠨ ᠭᠠᠵᠠᠷ ᠤᠨ ᠫᠷᠣᠺᠦ᠋ᠷᠣᠷ᠂ ᠠᠵᠢᠯᠲᠠᠨ ᠨᠤᠭᠤᠳ ᠰᠠᠨᠠᠭᠠᠴᠢᠯᠠᠨ ᠥᠪᠡᠷᠰᠡᠳ ᠦᠨ ᠨᠥᠭᠡᠴᠡ ᠪᠣᠯᠤᠯᠴᠠᠭ᠎ᠠ ᠪᠠᠷ ᠲᠣᠬᠢᠵᠢᠭᠤᠯᠤᠨ᠂ 5 ᠍ ᠳᠦᠭᠡᠷ ᠬᠣᠷᠢᠶ᠎ᠠ᠂ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠬᠡᠯᠲᠡᠰ ᠦᠨ ᠬᠡᠦᠬᠡᠳ ᠦᠨ ᠡᠷᠬᠡ ᠶᠢᠨ ᠪᠠᠶᠢᠴᠠᠭᠠᠭᠴᠢ ᠨᠠᠷᠠᠲᠤ ᠬᠦᠯᠢᠶᠡᠯᠭᠡᠨ ᠥᠷᠯᠥᠭᠡ᠃
ᠲᠠ ᠪᠦᠬᠦᠨ ᠳᠦ ᠪᠡᠨ ᠪᠠᠶᠠᠷᠯᠠᠯ᠎ᠠ