ᠬᠦᠷᠲᠡᠭᠡᠮᠵᠢᠲᠡᠢ ᠢᠷᠡᠭᠡᠳᠦᠢ ᠶᠢᠨ ᠲᠥᠯᠥᠭᠡ ᠬᠠᠮᠲᠤ ᠳᠤ ᠪᠠᠨ ᠵᠥᠪᠯᠡᠯᠳᠦᠯ᠎ᠡ

ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢ ᠬᠠᠮᠠᠭᠠᠯᠠᠬᠤ ᠣᠯᠠᠨ ᠤᠯᠤᠰ ᠤᠨ ᠡᠳᠦᠷ ᠦᠨ ᠬᠦᠷᠢᠶᠡᠨ ᠳᠦ 《ᠬᠦᠷᠲᠡᠭᠡᠮᠵᠢ ᠲᠡᠢ ᠢᠷᠡᠭᠡᠳᠦᠢ ᠶᠢᠨ ᠲᠥᠯᠦᠭᠡ ᠬᠠᠮᠲᠤ ᠳᠤ ᠪᠠᠨ》 ᠵᠥᠪᠯᠡᠯ ᠳᠦ ᠬᠢ ᠠᠭᠤᠯᠵᠠᠯᠲᠠ ᠶᠢ ᠵᠣᠬᠢᠶᠠᠨ ᠪᠠᠶᠢᠭᠤᠯᠤᠯ᠎ᠠ᠃
ᠲᠤᠰ ᠠᠭᠤᠯᠵᠠᠯᠲᠠ ᠳᠤ ᠬᠥᠭᠵᠢᠯ ᠦᠨ ᠪᠡᠷᠬᠡᠰᠢᠶᠡᠯ ᠲᠡᠢ ᠬᠡᠦᠬᠡᠳ ᠲᠡᠢ ᠡᠴᠢᠭᠡ᠂ ᠡᠬᠡ᠂ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ ᠲᠥᠯᠦᠭᠡᠯᠡᠯ᠂ ᠲᠥᠷᠦ ᠵᠠᠬᠢᠷᠭᠠᠨ ᠤ ᠪᠣᠯᠤᠨ ᠬᠣᠯᠪᠣᠭᠳᠠᠬᠤ ᠪᠠᠶᠢᠭᠤᠯᠤᠯᠭ᠎ᠠ᠂ ᠠᠵᠤ ᠠᠬᠤᠢ ᠶᠢᠨ ᠨᠢᠭᠡᠴᠡ ᠶᠢᠨ ᠤᠳᠤᠷᠢᠳᠤᠯᠭ᠎ᠠ ᠨᠤᠭᠤᠳ ᠣᠷᠣᠯᠴᠠᠭᠰᠠᠨ ᠶᠤᠮ᠃
ᠵᠥᠪᠯᠡᠯᠳᠦᠬᠦ ᠠᠭᠤᠯᠵᠠᠯᠲᠠ ᠪᠠᠷ ᠬᠥᠭᠵᠢᠯ ᠦᠨ ᠪᠡᠷᠬᠡᠰᠢᠶᠡᠯ ᠲᠡᠢ ᠬᠦᠮᠦᠨ ᠦ ᠡᠷᠬᠡ ᠶᠢ ᠬᠠᠩᠭᠠᠬᠤ ᠲᠠᠯ᠎ᠠ ᠪᠠᠷ ᠬᠢᠭᠰᠡᠨ ᠠᠵᠢᠯ ᠤᠨ ᠲᠠᠶᠢᠯᠠᠩ ᠢ ᠲᠠᠨᠢᠯᠴᠠᠭᠤᠯᠵᠤ᠂ ᠲᠤᠯᠭᠠᠮᠳᠠᠵᠤ ᠪᠤᠢ ᠠᠰᠠᠭᠤᠳᠠᠯ ᠤᠨ ᠲᠠᠯ᠎ᠠ ᠪᠠᠷ ᠰᠠᠨᠠᠯ ᠰᠣᠯᠢᠯᠴᠠᠵᠤ᠂ 2023 ᠣᠨ ᠤ ᠦᠢᠯᠡ ᠠᠵᠢᠯᠯᠠᠭᠠᠨ ᠤ ᠲᠥᠯᠦᠪᠯᠡᠭᠡᠨ ᠳᠦ ᠲᠤᠰᠬᠠᠨ᠂ ᠰᠢᠢᠳᠪᠦᠷᠢᠯᠡᠬᠦ ᠪᠡᠷ ᠪᠣᠯᠤᠯ᠎ᠠ᠃
ᠦᠢᠯᠡ ᠠᠵᠢᠯᠯᠠᠭᠠᠨ ᠤ ᠦᠶ᠎ᠡ ᠪᠡᠷ ᠪᠦᠬᠦ ᠨᠡᠶᠢᠲᠡ ᠳᠦ ᠡᠭᠡᠯᠢ ᠲᠡᠢ ᠣᠷᠴᠢᠨ ᠪᠦᠷᠢᠳᠦᠭᠦᠯᠬᠦ ᠲᠠᠯ᠎ᠠ ᠪᠠᠷ ᠢᠳᠡᠪᠬᠢ ᠰᠠᠨᠠᠭᠠᠴᠢᠯᠭ᠎ᠠ ᠲᠠᠢ ᠠᠵᠢᠯᠯᠠᠭᠰᠠᠨ᠂ ᠨᠡᠶᠢᠭᠡᠮ ᠦᠨ ᠳᠠᠭᠠᠳᠬᠠᠯ ᠤᠨ ᠬᠡᠯᠲᠡᠰ᠂ ᠬᠠᠭᠠᠨ ᠪᠠᠩᠬᠢᠨ ᠤ ᠪᠠᠭᠠᠨᠠᠭᠤᠷ ᠰᠠᠯᠪᠤᠷᠢ ᠶᠢ 《ᠬᠥᠭᠵᠢᠯ ᠦᠨ ᠪᠡᠷᠬᠡᠰᠢᠶᠡᠯ ᠲᠡᠢ ᠬᠦᠨᠳᠦ ᠡᠭᠡᠯᠢᠲᠡᠢ ᠪᠠᠶᠢᠭᠤᠯᠤᠯᠭ᠎ᠠ》 ᠍ ᠪᠠᠷ᠂ ᠥᠪᠡᠷ ᠢ ᠪᠡᠨ ᠬᠥᠭᠵᠢᠭᠦᠯᠬᠦ᠂ ᠨᠡᠶᠢᠭᠡᠮ ᠦᠨ ᠠᠮᠢᠳᠤᠷᠠᠯ ᠳᠤ ᠢᠳᠡᠪᠬᠢᠲᠡᠢ ᠣᠷᠣᠯᠴᠠᠬᠤ ᠳᠤ ᠪᠤᠰᠤᠳ ᠢ ᠪᠠᠨ ᠮᠠᠩᠯᠠᠶᠢᠯᠠᠭᠰᠠᠨ᠂ ᠲᠥᠰᠦᠯ ᠬᠥᠲᠦᠯᠪᠦᠷᠢ ᠠᠮᠵᠢᠯᠲᠠᠲᠠᠢ ᠬᠡᠷᠡᠭᠵᠢᠭᠦᠯᠦᠭᠰᠡᠨ᠂ ᠬᠥᠭᠵᠢᠯ ᠦᠨ ᠪᠡᠷᠬᠡᠰᠢᠶᠡᠯ ᠲᠡᠢ ᠢᠷᠭᠡᠳ ᠦᠨ 《ᠠᠪᠢᠯᠢᠮᠫ-2022》 ᠤᠷ᠎ᠠ ᠴᠢᠳᠠᠪᠤᠷᠢ ᠶᠢᠨ ᠤᠯᠤᠰ ᠤᠨ ᠤᠷᠤᠯᠳᠤᠭᠠᠨ ᠳᠤ ᠠᠮᠵᠢᠯ ᠲᠠᠢ ᠣᠷᠣᠯᠴᠠᠭᠰᠠᠨ ᠢᠷᠭᠡᠨ ᠡ.ᠲᠠᠮᠵᠢ ᠳᠤ᠂ ᠪ.ᠮᠠᠩᠯᠠᠶᠢᠪᠠᠶᠠᠷ᠂ ᠰ.ᠰᠣᠯᠣᠩᠭ᠎ᠠ᠂ ᠲ.ᠮᠥᠩᠬᠡᠪᠠᠲᠤ᠂ ᠴ.ᠭᠠᠨᠢᠳᠠᠮ ᠢᠶᠠᠨ ᠨᠠᠷ ᠢ ᠱᠠᠩᠨᠠᠵᠤ ᠤᠷᠮᠠᠰᠢᠭᠤᠯᠤᠯ᠎ᠠ᠃